ᠪᠠᠢᠭᠠᠯᠢ ᠣᠷᠴᠢᠨ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠶᠠᠮᠤᠨ ᠤ ᠰᠠᠢᠳ ᠰ ∙ ᠣᠳᠣᠨᠲᠤᠶᠠᠭ᠎ᠠ ᠲᠠᠢ ᠠᠯᠪᠠᠨ ᠠᠭᠤᠯᠵᠠᠯᠲᠠ ᠬᠢᠬᠦ ᠪᠡᠷ ᠪᠦᠬᠦᠳᠠ ᠨᠠᠢᠢᠷᠠᠮᠳᠠᠬᠤ ᠺᠡᠽᠡᠬᠰᠲ᠋ᠡᠠ ᠤᠯᠤᠰ ᠤᠨ ᠡᠻᠣᠯᠣᠭᠢ ᠂ ᠪᠠᠢᠭᠠᠯᠢ ᠶᠢᠨ ᠨᠥᠭᠡᠴᠡ ᠶᠢᠨ ᠰᠠᠢᠳ ᠶᠡ∙ ᠨᠠᠰᠢᠨᠪᠠᠶᠧ ᠮᠠᠨ ᠤ ᠤᠯᠤᠰ ᠲᠤ ᠡᠨᠡ ᠰᠠᠷ᠎ᠠ ᠶᠢᠨ 23-25 ᠳᠤ ᠠᠵᠢᠯ ᠤᠨ ᠠᠢᠯᠴᠢᠯᠠᠯ ᠬᠢᠯ᠎ᠡ ᠃
ᠠᠭᠤᠯᠵᠠᠯᠲᠠ ᠶᠢᠨ ᠡᠬᠢᠨ ᠳᠤ ᠰ ∙ ᠣᠳᠣᠨᠲᠤᠶᠠᠭ᠎ᠠ ᠬᠣᠶᠠᠷ ᠤᠯᠤᠰ ᠤᠨ ᠶᠠᠮᠤᠨ ᠬᠤᠭᠤᠷᠦᠡᠳᠦ 2023 ᠣᠨ ᠳᠤ ᠪᠠᠢᠭᠤᠯᠤᠭᠰᠠᠨ 《 ᠬᠦᠷᠢᠶᠡᠯᠡᠨ ᠪᠤᠶ ᠣᠷᠴᠢᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠠᠷᠢᠯᠴᠠᠨ ᠣᠢᠯᠠᠭᠠᠯᠴᠠᠯ ᠤᠨ ᠰᠠᠨᠠᠮᠵᠢ ᠪᠢᠴᠢᠭ 》 ᠤᠨ ᠬᠡᠷᠡᠭ᠍ᠵᠢᠯᠲᠡ ᠂ ᠴᠠᠭᠠᠰᠢᠳᠠ ᠶᠢᠨ ᠬᠠᠮᠲᠤ ᠶ᠋ᠢᠨ ᠠᠵᠢᠯᠯᠠᠭ᠎ᠠ ᠶᠢ ᠲᠣᠳᠣᠷᠬᠠᠢᠯᠠᠬᠤ ᠂ ᠬᠤᠪᠦᠷ ᠠᠮᠢᠳᠡᠠ ᠲᠥᠷᠥᠯ ᠵᠦᠢᠯ ᠢ ᠬᠠᠮᠡᠭᠠᠯᠡᠬᠤ ᠲᠤᠬᠠᠢ ᠬᠡᠯᠡᠯᠴᠡᠬᠦ ᠪᠡᠷ ᠮᠠᠨ ᠤ ᠤᠯᠤᠰ ᠢ ᠵᠣᠷᠢᠨ ᠠᠢᠯᠴᠢᠯᠠᠵᠤ ᠪᠠᠢᠭ᠎ᠠ ᠳᠤ ᠲᠠᠯᠠᠷᠬᠠᠯ ᠢᠯᠡᠷᠬᠡᠢᠯᠡᠪᠡ ᠃
ᠲᠡᠳᠡ ᠺᠡᠽᠡᠬᠰᠲ᠋ᠡᠠ ᠤᠯᠤᠰ ᠤᠨ《ᠬᠣᠶᠠᠷ ᠲᠡᠷᠪᠤᠮ ᠮᠣᠳᠤ》ᠰᠠᠨᠠᠭᠠᠴᠢᠯᠠᠭ᠎ᠠ ᠶᠢ ᠮᠠᠨ ᠤ ᠤᠯᠤᠰ ᠤᠨ《ᠲᠡᠷᠪᠤᠮ ᠮᠣᠳᠤ 》ᠦᠨᠳᠦᠰᠦᠨ ᠤ ᠬᠥᠳᠡᠯᠭᠡᠭᠡᠨ ᠲᠠᠢ ᠤᠶᠠᠯᠳᠤᠭᠤᠯᠬᠤ᠂ ᠵᠠᠭ ᠤᠨ ᠣᠢ ᠶᠢᠨ ᠨᠥᠬᠦᠨ ᠰᠡᠷᠭᠦᠭᠡᠯᠲᠡ᠂ ᠣᠢᠵᠢᠭᠤᠯᠤᠯᠲᠠ ᠶᠢᠨ ᠰᠢᠢᠳᠦᠯ ᠢ ᠬᠠᠷᠢᠯᠴᠠᠨ ᠬᠤᠪᠢᠶᠠᠯᠴᠠᠬᠤ᠂ ᠬᠣᠶᠠᠷ ᠤᠯᠤᠰ ᠤᠨ ᠬᠤᠪᠦᠷ ᠠᠮᠢᠳᠡᠠ ᠵᠦᠢᠯ ᠢ ᠬᠠᠮᠡᠭᠠᠯᠡᠬᠤ ᠂ ᠨᠤᠲᠤᠭᠰᠢᠭᠤᠯᠬᠤ ᠂ ᠪᠠᠢᠭᠠᠯᠢ ᠣᠷᠴᠢᠨ ᠤ ᠬᠠᠤᠯᠢ ᠲᠣᠭᠲᠠᠭᠠᠮᠵᠢ᠂ ᠪᠣᠳᠣᠯᠭ᠎ᠠ ᠶᠢᠨ ᠴᠢᠭ᠍ᠯᠡᠯ ᠢᠶᠡᠷ ᠲᠤᠷᠰᠢᠯᠭ᠎ᠠ ᠰᠣᠯᠢᠯᠴᠠᠬᠤ ᠴᠢᠭ᠍ᠯᠡᠯ ᠢᠶᠡᠷ ᠰᠠᠨᠠᠯ ᠰᠣᠯᠢᠯᠴᠠᠵᠠᠢ ᠃