ᠰᠠᠷ᠎ᠠ ᠰᠢᠨ᠎ᠡ ᠶᠢᠨ ᠡᠳᠦᠷ ᠦᠳ ᠲᠦ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠳ ᠪ ∙ ᠪᠡᠲᠦᠴᠡᠴᠡᠭ ᠶᠠᠫᠣᠨ ᠤ ᠭᠠᠳᠠᠭᠠᠳᠤ ᠬᠡᠷᠡᠭ ᠦᠨ ᠰᠠᠢᠳ ᠢᠸᠠᠶᠠ ᠲᠠᠺᠡᠰᠢ ᠶᠢᠨ ᠤᠷᠢᠯᠭ᠎ᠠ ᠪᠠᠷ ᠲᠤᠰ ᠤᠯᠤᠰ ᠲᠤ ᠠᠢᠯᠴᠢᠯᠠᠪᠠ᠃ ᠠᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ《ᠡᠳ᠋ ᠦᠨ ᠵᠠᠰᠠᠭ᠂ ᠨᠡᠢᠭᠡᠮ ᠤᠨ ᠬᠥᠭᠵᠢᠯ ᠦᠨ ᠬᠥᠲᠥᠯᠪᠦᠷᠢ》ᠬᠠᠷᠢᠯᠴᠠᠨ ᠣᠢᠯᠠᠭᠠᠯᠴᠠᠯ ᠤᠨ ᠰᠠᠨᠠᠮᠵᠢ ᠪᠢᠴᠢᠭ ᠲᠦ ᠰᠠᠢᠳ ᠨᠠᠷ ᠭᠠᠷ ᠤᠨ ᠦᠰᠦᠭ ᠵᠢᠷᠦᠪᠠ᠃
ᠡᠨᠡ ᠬᠥᠲᠥᠯᠪᠦᠷᠢ ᠪᠡᠷ ᠪᠤᠴᠠᠯᠲᠠ ᠦᠭᠡᠢ ᠲᠤᠰᠠᠯᠠᠮᠵᠢ ᠶᠢᠨ ᠬᠣᠶᠠᠷ ᠲᠥᠰᠥᠯ ᠬᠡᠷᠡᠭ᠍ᠵᠢᠭᠦᠯᠦᠨᠡ᠃ ᠡᠭᠦᠨ ᠡᠴᠡ ᠭᠠᠳᠠᠨ᠎ᠠ ᠶᠠᠫᠣᠨ ᠤᠯᠤᠰ ᠮᠣᠩᠭᠣᠯ ᠤᠨ ᠳᠡᠳ᠋ ᠪᠦᠲᠦᠴᠡ ᠶᠢ ᠰᠠᠢᠵᠢᠷᠠᠭᠤᠯᠬᠤ ᠳᠤ ᠵᠣᠷᠢᠭᠤᠯᠵᠤ 545 ᠰᠠᠶ᠎ᠠ ᠶᠧᠨ ᠦ ᠪᠤᠴᠠᠯᠲᠠ ᠦᠭᠡᠢ ᠲᠤᠰᠠᠯᠠᠮᠵᠢ ᠥᠭᠬᠦ ᠪᠡᠨ ᠠᠮᠠᠯᠠᠭᠰᠠᠨ ᠪᠠᠢᠨ᠎ᠠ᠃