ᠮᠣᠩᠭᠣᠯ ᠤᠯᠤᠰ ᠰᠢᠨ᠎ᠡ ᠪᠠᠷ 4600 ᠺᠢᠯᠣᠮᠧᠲᠷ ᠲᠡᠮᠦᠷ ᠵᠡᠮ ᠪᠠᠷᠢᠨ᠎ᠠ | News.MN

ᠮᠣᠩᠭᠣᠯ ᠤᠯᠤᠰ ᠰᠢᠨ᠎ᠡ ᠪᠠᠷ 4600 ᠺᠢᠯᠣᠮᠧᠲᠷ ᠲᠡᠮᠦᠷ ᠵᠡᠮ ᠪᠠᠷᠢᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ 4600 ᠺᠢᠯᠣᠮᠧᠲᠷ ᠲᠡᠮᠦᠷ ᠵᠡᠮ ᠪᠠᠷᠢᠨ᠎ᠠ ᠭᠡᠳᠡᠭ ᠢ ᠤᠯᠠᠭᠠᠨᠪᠠᠭᠠᠲᠤᠷ ᠲᠤ ᠥᠴᠥᠭᠡᠳᠦᠷ ᠡᠬᠢᠯᠡᠭ᠍ᠰᠡᠨ ᠲᠡᠮᠦᠷ ᠵᠠᠮ ᠤᠳ ᠤᠨ ᠬᠠᠮᠲᠤ ᠶ᠋ᠢᠨ ᠠᠵᠢᠯᠯᠠᠭᠠᠨ ᠤ ᠪᠠᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠵᠥᠪᠯᠡᠯᠭᠡᠨ ᠳᠡᠭᠡᠷ᠎ᠡ ᠮᠣᠩᠭᠣᠯ ᠤᠨ ᠲᠡᠯ᠎ᠠ ᠮᠡᠳᠡᠭ᠍ᠳᠡᠯ᠎ᠡ᠃ ᠮᠥᠨ ᠬᠢᠯᠢ ᠶᠢᠨ ᠳᠥᠷᠪᠡᠨ ᠪᠣᠭᠣᠮᠲᠠ ᠶᠢ ᠲᠡᠮᠦᠷ ᠵᠠᠮ ᠢᠶᠠᠷ ᠬᠣᠯᠪᠣᠵᠤ᠂ ᠪᠣᠭᠣᠮᠲᠠ ᠨᠤᠭᠤᠳ ᠤᠨ ᠠᠴᠢᠶ᠎ᠠ ᠨᠡᠪᠲᠡᠷᠡᠭᠦᠯᠬᠦ ᠬᠦᠴᠦᠨ ᠴᠢᠳᠠᠯ ᠢ 2-3 ᠳᠠᠬᠢᠨ ᠨᠡᠮᠡᠭ᠍ᠳᠡᠭᠦᠯᠦᠨ᠎ᠡ ᠭᠡᠳᠡᠭ ᠢ ᠵᠡᠮ ᠲᠡᠭᠡᠭᠡᠪᠦᠷᠢ ᠶᠢᠨ ᠰᠠᠢᠳ ᠪ ∙ ᠳᠡᠯᠭᠡᠷᠰᠠᠢᠬᠠᠨ ᠣᠨᠴᠠᠯᠠᠨ ᠲᠡᠮᠳᠡᠭ᠍ᠯᠡᠭ᠍ᠰᠡᠨ ᠪᠡᠢᠨ᠎ᠡ᠃

ᠲᠡᠮᠦᠷ ᠵᠠᠮ ᠤᠳ ᠤᠨ ᠬᠠᠮᠲᠤ ᠶ᠋ᠢᠨ ᠠᠵᠢᠯᠯᠠᠭᠠᠨ ᠤ ᠪᠠᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠠᠴᠢᠶᠠᠨ ᠤ ᠭᠡᠮᠵᠢᠶ᠎ᠠ ᠲᠣᠬᠢᠷᠠᠯᠴᠠᠬᠤ ᠵᠥᠪᠯᠡᠯᠭᠡᠨ ᠳᠤ ᠮᠣᠩᠭᠣᠯ ᠠᠴᠠ ᠭᠠᠳᠡᠨ᠎ᠡ ᠤᠷᠦᠰ ᠂ ᠬᠢᠲᠠᠳ ᠂ ᠠᠹᠭᠠᠨᠢᠰᠲ᠋ᠠᠨ ᠂ ᠪᠸᠯᠠᠷᠦ᠋ᠰ ᠂ ᠸᠢᠶᠧᠲᠨᠠᠮ ᠂ ᠺᠡᠽᠡᠬᠰᠲ᠋ᠡᠠ ᠂ ᠲᠦᠷᠺᠮᠧᠨᠢᠰᠲ᠋ᠠᠨ᠂  ᠦᠽᠪᠧᠺᠰᠲ᠋ᠠᠨ᠂ ᠪᠦᠬᠦᠳᠠ ᠨᠠᠢᠢᠷᠠᠮᠳᠠᠬᠤ ᠰᠣᠯᠤᠩᠭᠤᠰ ᠤᠯᠤᠰ ᠵᠡᠷᠭᠡ 12 ᠣᠷᠣᠨ ᠤ ᠲᠥᠯᠦᠭᠡᠯᠡᠭ᠍ᠴᠢ ᠣᠷᠣᠯᠴᠠᠵᠤ ᠪᠠᠢᠭ᠎ᠠ ᠪᠥᠭᠡᠳ ᠲᠡᠳᠡ 2025 ᠣᠨ ᠳᠤ ᠲᠡᠮᠦᠷ ᠵᠠᠮ ᠢᠶᠠᠷ ᠲᠡᠭᠡᠭᠡᠪᠦᠷᠢᠯᠡᠬᠦ ᠠᠴᠢᠶᠠᠨ ᠤ ᠬᠡᠮᠵᠢᠶ᠎ᠡ ᠶᠢ ᠲᠣᠬᠢᠷᠠᠯᠴᠠᠬᠤ ᠶᠤᠮ ᠃

ᠰᠡᠳᠬᠢᠭᠳᠡᠯ ᠦᠯᠡᠳᠡᠭᠡᠬᠦ