ᠮᠣᠩᠭᠣᠯ ᠤᠨ ᠵᠣᠬᠢᠶᠠᠯᠴᠢᠳ ᠤᠨ ᠡᠪᠯᠡᠯ 《ᠪᠣᠯᠣᠷ ᠴᠣᠮᠣ》᠂ 《ᠤᠳᠬ᠎ᠠ ᠶᠢᠨ ᠴᠢᠮᠡᠭ》᠂ 《ᠠᠯᠲᠠᠨ ᠥᠳᠥ》 ᠵᠡᠷᠭᠡ ᠨᠠᠭᠠᠳᠤᠮ ᠤᠨ ᠪᠠᠷᠠᠭᠠᠨ ᠤ ᠲᠡᠮᠳᠡᠭ ᠢ ᠥᠩᠭᠡᠷᠡᠭᠰᠡᠨ ᠣᠨ ᠳᠤ ᠣᠶᠤᠨ ᠤ ᠥᠮᠴᠢ ᠶᠢᠨ ᠭᠠᠵᠠᠷ ᠲᠤ ᠪᠦᠷᠢᠳᠬᠡᠭᠦᠯᠵᠦ᠂ ᠠᠯᠪᠠᠨ ᠶᠣᠰᠣᠭᠠᠷ ᠡᠵᠡᠮᠰᠢᠬᠦ ᠪᠣᠯᠤᠭᠰᠠᠨ ᠪᠢᠯᠡ᠃ ᠲᠡᠭᠡᠪᠡᠯ ᠲᠤᠰ ᠭᠠᠵᠠᠷ ᠠᠴᠠ ᠤᠭ ᠨᠠᠭᠠᠳᠤᠮ ᠤᠳ ᠲᠠᠢ ᠢᠵᠢᠯ ᠨᠡᠷ᠎ᠡ ᠲᠡᠢ ᠤᠳᠬ᠎ᠠ ᠵᠣᠬᠢᠶᠠᠯ ᠤᠨ ᠦᠢᠯᠡ ᠠᠵᠢᠯᠯᠠᠭ᠎ᠠ ᠶᠢ ᠥᠭᠡᠷ᠎ᠡ ᠪᠠᠢᠭᠤᠯᠤᠯᠭ᠎ᠠ ᠵᠣᠬᠢᠶᠠᠨ ᠪᠠᠢᠭᠤᠯᠬᠤ ᠡᠷᠬᠡ ᠦᠭᠡᠢ ᠪᠣᠯᠬᠤ ᠶᠢ ᠠᠩᠬᠠᠷᠤᠭᠤᠯᠵᠤ ᠮᠡᠳᠡᠭᠳᠡᠯ ᠭᠠᠷᠭᠠᠯ᠎ᠠ᠃
ᠮᠡᠳᠡᠭᠳᠡᠯ ᠭᠠᠷᠭᠠᠬᠤ ᠪᠣᠯᠤᠭᠰᠠᠨ ᠰᠢᠯᠲᠠᠭᠠᠨ ᠨᠢ᠂ ᠵᠠᠷᠢᠮ ᠠᠢᠮᠠᠭ᠂ ᠰᠤᠮᠤ ᠢᠷᠠᠭᠤ ᠨᠠᠢᠷᠠᠭ ᠤᠨ ᠨᠠᠭᠠᠳᠤᠮ ᠵᠣᠬᠢᠶᠠᠨ ᠪᠠᠢᠭᠤᠯᠬᠤ ᠳᠤ ᠪᠠᠨ 《ᠪᠣᠯᠣᠷ ᠴᠣᠮᠣ》 ᠶᠢᠨ ᠨᠡᠷ᠎ᠡ ᠶᠢ ᠠᠰᠢᠭᠯᠠᠬᠤ᠂ ᠰᠢᠯᠭᠠᠷᠠᠭᠤᠯᠤᠯᠲᠠ ᠳᠤ ᠪᠠᠨ ᠮᠣᠩᠭᠣᠯ ᠤᠨ ᠵᠣᠬᠢᠶᠠᠯᠴᠢᠳ ᠤᠨ ᠡᠪᠯᠡᠯ ᠡᠴᠡ ᠪᠠᠷᠢᠮᠲᠠᠯᠠᠵᠤ ᠪᠤᠢ ᠪᠣᠳᠣᠯᠭ᠎ᠠ ᠶᠢ ᠳᠠᠭᠠᠬᠤ ᠦᠭᠡᠢ ᠪᠡᠷ ᠥᠪᠡᠷᠰᠡᠳ ᠦᠨ ᠦᠵᠡᠮᠵᠢ ᠪᠡᠷ ᠰᠢᠢᠳᠬᠦ᠂ ᠦᠢᠯᠡ ᠠᠵᠢᠯᠯᠠᠭᠠᠨ ᠳᠤ ᠪᠠᠨ ᠮᠣᠩᠭᠣᠯ ᠤᠨ ᠵᠣᠬᠢᠶᠠᠯᠴᠢᠳ ᠤᠨ ᠡᠪᠯᠡᠯ ᠦᠨ ᠦᠨᠳᠦᠰᠦᠨ ᠦ ᠲᠥᠪ ᠦᠨ ᠲᠡᠷᠢᠭᠦᠨ᠂ ᠤᠳᠤᠷᠢᠳᠬᠤ ᠵᠥᠪᠯᠡᠯ ᠦᠨ ᠭᠡᠰᠢᠭᠦᠳ ᠢ ᠬᠤᠪᠢ ᠶᠢᠨ ᠵᠢᠷᠤᠮ ᠢᠶᠠᠷ ᠤᠷᠢᠬᠤ ᠨᠢ ᠣᠯᠠᠰᠢᠷᠠᠭᠰᠠᠨ ᠲᠠᠢ ᠬᠣᠯᠪᠣᠭ᠎ᠠ ᠲᠠᠢ ᠭᠡᠨ᠎ᠡ᠃