ᠮᠣᠩᠭᠣᠯ ᠤᠯᠤᠰ ᠤᠨ ᠶᠡᠷᠦᠩᠬᠡᠢ ᠰᠠᠢᠳ ᠯ ∙ ᠤᠶᠤᠡᠡᠷᠳᠡᠨᠢ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠢᠳ ᠷᠢᠴᠠᠷᠲ ᠪᠤᠢᠩᠭᠠᠨ ᠢ ᠬᠦᠯᠢᠶᠡᠨ ᠠᠪᠴᠤ ᠠᠭᠤᠯᠵᠠᠭᠠᠳ᠂ ᠮᠣᠩᠭᠣᠯ᠂ ᠠᠮᠧᠷᠢᠺᠠ ᠶᠢᠨ ᠰᠲᠷᠠᠲ᠋ᠧᠭᠢ ᠶᠢᠨ ᠭᠤᠷᠪᠠᠳᠠᠭᠴᠢ ᠬᠥᠷᠰᠢ ᠶᠢᠨ ᠲᠦᠩᠰᠢᠯᠡᠯ ᠢ ᠤᠯᠠᠮ ᠪᠠᠲᠤᠳᠬᠠᠨ ᠪᠡᠬᠢᠵᠢᠭᠦᠯᠬᠦ ᠶᠢᠨ ᠲᠥᠯᠥᠭᠡ ᠬᠡᠷᠡᠭᠵᠢᠭᠦᠯᠵᠦ ᠪᠤᠢ ᠠᠵᠢᠯ ᠤᠳ ᠤᠨ ᠶᠠᠪᠤᠴᠠ ᠶᠢᠨ ᠲᠤᠬᠠᠢ ᠰᠠᠨᠠᠯ᠂ ᠮᠡᠳᠡᠭᠡᠯᠡᠯ ᠰᠣᠯᠢᠯᠴᠠᠵᠤ᠂ ᠴᠢᠨᠠᠭᠰᠢᠳᠠ ᠬᠢᠬᠦ ᠠᠵᠢᠯ ᠤᠳ ᠤᠨ ᠲᠠᠯ᠎ᠠ ᠪᠠᠷ ᠶᠠᠷᠢᠯᠴᠠᠪᠠ᠃
ᠡᠯᠴᠢᠨ ᠰᠠᠢᠳ ᠷᠢᠴᠠᠷᠲ ᠪᠤᠢᠩᠭᠠᠨ ᠠᠮᠧᠷᠢᠺᠠ ᠶᠢᠨ ᠰᠢᠨ᠎ᠡ ᠵᠠᠰᠠᠭ ᠵᠠᠬᠢᠷᠭᠠᠨ ᠠᠴᠠ ᠪᠠᠷᠢᠮᠲᠠᠯᠠᠵᠤ ᠪᠤᠢ ᠪᠣᠳᠣᠯᠭ᠎ᠠ᠂ ᠬᠡᠷᠡᠭᠵᠢᠭᠦᠯᠵᠦ ᠪᠤᠢ ᠦᠢᠯᠡ ᠠᠵᠢᠯᠯᠠᠭᠠᠨ ᠤ ᠲᠠᠯ᠎ᠠ ᠪᠠᠷ ᠶᠡᠷᠦᠩᠬᠡᠢ ᠰᠠᠢᠳ ᠯ ∙ ᠤᠶᠤᠡᠡᠷᠳᠡᠨᠢ ᠳᠦ ᠲᠠᠨᠢᠯᠴᠠᠭᠤᠯᠵᠡᠢ᠃