ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ 《ᠲᠷᠠᠨᠰ-ᠠᠽᠢᠶ᠎ᠠ ᠶᠢᠨ ᠲᠡᠮᠦᠷ ᠵᠠᠮ ᠤᠨ ᠰᠦᠯᠵᠢᠶᠡᠨ ᠦ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ》 ᠦᠨ ᠨᠡᠮᠡᠯᠲᠡ ᠥᠭᠡᠷᠡᠴᠢᠯᠡᠯᠲᠡ ᠶᠢ ᠰᠣᠶᠣᠷᠬᠠᠨ ᠪᠠᠲᠤᠯᠠᠬᠤ ᠲᠤᠬᠠᠢ ᠬᠠᠤᠯᠢ ᠶᠢᠨ ᠲᠥᠰᠥᠯ ᠢ ᠬᠠᠤᠯᠢ ᠰᠠᠨᠠᠭᠠᠴᠢᠯᠠᠭᠴᠢ ᠳᠤ ᠪᠤᠴᠠᠭᠠᠯ᠎ᠠ᠃
《ᠲᠷᠠᠨᠰ-ᠠᠽᠢᠶ᠎ᠠ ᠶᠢᠨ ᠲᠡᠮᠦᠷ ᠵᠠᠮ ᠤᠨ ᠰᠦᠯᠵᠢᠶᠡᠨ ᠦ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ》 ᠢ 2006 ᠣᠨ ᠳᠤ ᠨᠢᠭᠡᠳᠦᠭᠰᠡᠨ ᠦᠨᠳᠦᠰᠦᠲᠡᠨ ᠦ ᠪᠠᠢᠭᠤᠯᠤᠯᠭ᠎ᠠ ᠶᠢᠨ ᠠᠽᠢᠶ᠎ᠠ᠂ ᠨᠣᠮᠣᠬᠠᠨ ᠳᠠᠯᠠᠢ ᠶᠢᠨ ᠡᠳ᠋ ᠦᠨ ᠵᠠᠰᠠᠭ᠂ ᠨᠡᠢᠭᠡᠮ ᠤᠨ ᠺᠣᠮᠢᠰ ᠤᠨ ᠴᠢᠭᠤᠯᠭᠠᠨ ᠢᠶᠠᠷ ᠪᠠᠲᠤᠯᠠᠭᠰᠠᠨ ᠪᠥᠭᠡᠳ ᠮᠣᠩᠭᠣᠯ ᠤᠯᠤᠰ ᠤᠨ ᠶᠡᠬᠡ ᠬᠤᠷᠠᠯ 2007 ᠣᠨ ᠳᠤ ᠰᠣᠶᠣᠷᠬᠠᠨ ᠪᠠᠲᠤᠯᠠᠭᠰᠠᠨ ᠃
ᠡᠨᠡ ᠬᠦ ᠬᠡᠯᠡᠯᠴᠡᠭᠡᠷ ᠨᠢ ᠣᠯᠠᠨ ᠤᠯᠤᠰ ᠤᠨ ᠠᠴᠢ ᠬᠣᠯᠪᠣᠭᠳᠠᠯ ᠪᠦᠬᠦᠢ ᠲᠡᠮᠦᠷ ᠵᠠᠮ ᠤᠨ ᠱᠤᠭᠤᠮ ᠤᠳ ᠢ ᠲᠣᠳᠣᠷᠬᠠᠢᠯᠠᠭᠰᠠᠨ᠃ 2024 ᠣᠨ ᠤ 12 ᠳ᠋ᠤᠭᠠᠷ ᠰᠠᠷ᠎ᠠ ᠶᠢᠨ ᠪᠠᠢᠳᠠᠯ ᠢᠶᠠᠷ ᠬᠡᠯᠡᠯᠴᠡᠭᠡᠷ ᠲᠦ ᠣᠷᠣᠯᠴᠠᠭᠴᠢ 25 ᠤᠯᠤᠰ ᠪᠠᠢᠭ᠎ᠠ ᠠᠴᠠ ᠣᠷᠣᠰ᠂ ᠬᠢᠲᠠᠳ ᠪᠠᠭᠲᠠᠵᠠᠢ᠃
ᠮᠣᠩᠭᠣᠯ ᠤᠯᠤᠰ ᠨᠢ ᠲᠤᠰ ᠬᠡᠯᠡᠯᠴᠡᠭᠡᠷ ᠦᠨ ᠣᠷᠣᠯᠴᠠᠭᠴᠢ ᠤᠯᠤᠰ ᠤᠨ ᠬᠤᠪᠢ ᠳᠤ ᠬᠡᠯᠡᠯᠴᠡᠭᠡᠷ ᠦᠨ ᠨᠡᠮᠡᠯᠲᠡ ᠥᠭᠡᠷᠡᠴᠢᠯᠡᠯᠲᠡ ᠳᠤ ᠨᠢᠭᠡᠳᠦᠭᠰᠡᠨ ᠢᠶᠡᠷ ᠪᠤᠰᠤᠳ ᠣᠷᠣᠨ ᠨᠤᠭᠤᠳ ᠲᠠᠢ ᠨᠢᠭᠡ ᠵᠠᠷᠴᠢᠮ ᠳᠤ ᠲᠤᠯᠭᠠᠭᠤᠷᠢᠯᠠᠨ ᠲᠡᠮᠦᠷ ᠵᠠᠮ ᠤᠨ ᠲᠡᠭᠡᠭᠡᠪᠦᠷᠢ ᠶᠢᠨ ᠴᠠᠬᠢᠮ ᠮᠡᠳᠡᠭᠡᠯᠡᠯ ᠰᠤᠯᠢᠯᠴᠠᠬᠤ᠂ ᠡᠨᠡ ᠲᠠᠯ᠎ᠠ ᠪᠠᠷ ᠨᠠᠷᠢᠪᠴᠢᠯᠠᠭᠰᠠᠨ ᠬᠣᠶᠠᠷ ᠲᠠᠯᠠᠲᠤ ᠪᠣᠯᠤᠨ ᠣᠯᠠᠨ ᠲᠠᠯᠠᠲᠤ ᠭᠡᠷ᠎ᠡ ᠬᠡᠯᠡᠯᠴᠡᠭᠡᠷ ᠪᠠᠢᠭᠤᠯᠬᠤ ᠪᠣᠯᠤᠮᠵᠢ ᠪᠦᠷᠢᠳᠴᠦ᠂ ᠲᠡᠮᠦᠷ ᠵᠠᠮ ᠤᠨ ᠲᠡᠭᠡᠭᠡᠪᠦᠷᠢ ᠶᠢᠨ ᠥᠷᠢᠰᠦᠯᠳᠦᠬᠦ ᠴᠢᠳᠠᠪᠤᠷᠢ ᠶᠢ ᠨᠡᠮᠡᠭᠳᠡᠭᠦᠯᠵᠦ᠂ ᠬᠢᠯᠢ ᠳᠠᠮᠨᠠᠭᠰᠠᠨ᠂ ᠴᠠᠭᠠᠰᠤ ᠦᠭᠡᠢ ᠬᠤᠳᠠᠯᠳᠤᠭ᠎ᠠ ᠶᠢ ᠬᠥᠩᠭᠡᠪᠴᠢᠯᠡᠬᠦ ᠳᠦ ᠲᠦᠯᠬᠢᠴᠡ ᠦᠵᠡᠭᠦᠯᠦᠨ᠎ᠡ ᠭᠡᠵᠦ ᠰᠠᠢᠳ ᠪ ∙ ᠳᠡᠯᠭᠡᠷᠰᠠᠢᠬᠠᠨ ᠲᠠᠨᠢᠯᠴᠠᠭᠤᠯᠵᠤ ᠪᠠᠢᠪᠠ᠃
ᠡᠨᠡ ᠰᠦᠯᠵᠢᠶᠡᠨ ᠳᠦ ᠨᠢᠭᠡᠳᠦᠭᠰᠡᠨ ᠢᠶᠡᠷ ᠬᠢᠲᠠᠳ ᠠᠴᠠ ᠲᠡᠭᠡᠭᠡᠪᠦᠷᠢᠯᠡᠭᠳᠡᠨ ᠢᠷᠡᠵᠦ ᠪᠤᠢ ᠪᠠᠷᠠᠭ᠎ᠠ ᠪᠦᠲᠦᠭᠡᠭᠳᠡᠬᠦᠨ ᠳᠦ ᠬᠣᠶᠠᠷ ᠤᠯᠤᠰ ᠤᠨ ᠭᠠᠢᠯᠢ ᠲᠤᠰ ᠪᠦᠷᠢ ᠳᠡᠭᠡᠷ᠎ᠡ ᠪᠦᠷᠢᠳᠦᠭᠦᠯᠦᠯᠲᠡ ᠬᠢᠵᠦ ᠢᠷᠭᠡᠳ᠂ ᠠᠵᠤ ᠠᠬᠤᠢ ᠶᠢᠨ ᠨᠢᠭᠡᠴᠡ ᠨᠦᠭᠦᠳ ᠢ ᠴᠢᠷᠦᠭᠳᠡᠭᠦᠯᠳᠡᠭ ᠠᠰᠠᠭᠤᠳᠠᠯ ᠢ ᠴᠡᠭᠴᠡᠯᠡᠬᠦ ᠡᠬᠢᠯᠡᠯ ᠢ ᠲᠠᠯᠪᠢᠨ᠎ᠠ᠃
ᠲᠡᠮᠦᠷ ᠵᠠᠮ ᠢᠶᠠᠷ ᠬᠣᠯᠪᠣᠭᠳᠠᠵᠤ ᠪᠠᠢᠭ᠎ᠠ ᠪᠦᠬᠦ ᠣᠷᠣᠨ ᠨᠤᠭᠤᠳ᠂ ᠢᠯᠠᠩᠭᠤᠶ᠎ᠠ ᠭᠤᠷᠪᠠᠳᠠᠭᠴᠢ ᠣᠷᠣᠨ ᠠᠴᠠ ᠣᠷᠣᠵᠤ ᠢᠷᠡᠵᠦ ᠪᠠᠢᠭ᠎ᠠ ᠴᠢᠩᠭᠡᠯᠢᠭ᠂ ᠠᠴᠢᠶᠠᠨ ᠤ ᠲᠠᠯᠠᠭᠠᠷᠬᠢ ᠮᠡᠳᠡᠭᠡᠯᠡᠯ ᠢ ᠠᠴᠢᠭᠤᠯᠤᠭᠰᠠᠨ ᠤᠯᠤᠰ ᠤᠨ ᠭᠠᠢᠯᠢ ᠶᠢᠨ ᠠᠯᠪᠠᠨ ᠠᠴᠠ ᠠᠴᠢᠶ᠎ᠠ ᠢᠷᠡᠬᠦ ᠡᠴᠡ ᠡᠮᠦᠨ᠎ᠡ ᠲᠦᠷᠦᠭᠦᠯᠡᠵᠦ ᠴᠠᠬᠢᠮ ᠢᠶᠠᠷ ᠠᠪᠴᠤ᠂ ᠪᠦᠷᠢᠳᠬᠡᠯ ᠦᠨ ᠰᠠᠩ ᠳᠤ ᠪᠠᠨ ᠤᠷᠤᠭᠤᠯᠬᠤ ᠨᠥᠬᠥᠴᠡᠯ ᠪᠥᠷᠢᠳᠦᠨ᠎ᠡ᠃
ᠪᠠᠢᠩᠭᠤ ᠶᠢᠨ ᠬᠣᠷᠢᠶᠠᠨ ᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠲᠤᠰ ᠬᠠᠤᠯᠢ ᠶᠢᠨ ᠲᠥᠰᠥᠯ ᠢ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠭᠦᠯᠬᠦ ᠶᠢ ᠳᠡᠮᠵᠢᠭᠰᠡᠨ ᠴᠤ ᠤᠯᠤᠰ ᠤᠨ ᠶᠡᠬᠡ ᠬᠤᠷᠠᠯ ᠳᠡᠮᠵᠢᠭᠰᠡᠨ ᠦᠭᠡᠢ᠃