ᠨᠡᠭᠦᠷᠡᠰᠦᠨ ᠦ ᠡᠺᠰᠫᠣᠷᠲ ᠤᠨ ᠪᠡᠶᠡᠲᠦ ᠬᠡᠮᠵᠢᠶ᠎ᠡ ᠡᠨᠡ ᠣᠨ ᠤ ᠡᠬᠢᠨ ᠦ 3 ᠰᠠᠷ᠎ᠠ ᠶᠢᠨ ᠪᠠᠢᠳᠠᠯ ᠢᠶᠠᠷ 15.8 ᠰᠠᠶ᠎ᠠ ᠲᠣᠨ ᠳᠤ ᠬᠦᠷᠴᠦ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 1.9 ᠰᠠᠶ᠎ᠠ ᠲᠣᠨ ᠢᠶᠠᠷ ᠪᠠᠭᠠᠰᠴᠤ᠂ ᠡᠺᠰᠫᠣᠷᠲ ᠤᠨ ᠣᠷᠣᠯᠭ᠎ᠠ ᠡᠮᠦᠨᠡᠬᠢ ᠵᠢᠯ ᠦᠨ ᠮᠥᠨ ᠦᠶ᠎ᠡ ᠶᠢᠨ ᠬᠢ ᠡᠴᠡ 934 ᠰᠠᠶ᠎ᠠ ᠳ᠋ᠣᠯᠯᠠᠷ ᠢᠶᠠᠷ ᠪᠠᠭᠠᠰᠤᠭᠰᠠᠨ ᠪᠠᠢᠨ᠎ᠠ᠃
ᠳᠡᠭᠡᠷᠡᠬᠢ ᠬᠦᠴᠦᠨ ᠵᠦᠢᠯᠡᠰ ᠦᠨ ᠨᠥᠯᠥᠭᠡ ᠪᠡᠷ ᠭᠠᠳᠠᠭᠠᠳᠤ ᠸᠠᠯᠢᠶᠤᠲ ᠤᠨ ᠡᠷᠢᠯᠲᠡ ᠴᠤ ᠨᠡᠮᠡᠭᠳᠡᠵᠡᠢ᠃ ᠪᠠᠩᠬᠢ ᠨᠤᠭᠤᠳ ᠠᠴᠠ ᠭᠠᠳᠠᠭᠠᠳᠤ ᠸᠠᠯᠢᠶᠤᠲ ᠤᠨ ᠳᠠᠭᠤᠳᠠᠯᠭ᠎ᠠ ᠬᠤᠳᠠᠯᠳᠤᠭᠠᠨ ᠳᠤ ᠥᠩᠭᠡᠷᠡᠭᠰᠡᠨ ᠣᠨ ᠤ ᠳᠥᠷᠪᠡᠳᠦᠭᠡᠷ ᠤᠯᠠᠷᠢᠯ ᠳᠤ 7 ᠬᠣᠨᠣᠭ ᠲᠤ ᠳᠤᠮᠳᠠᠴᠢ ᠪᠠᠷ 165 ᠰᠠᠶ᠎ᠠ ᠳ᠋ᠣᠯᠯᠠᠷ ᠬᠤᠳᠠᠯᠳᠤᠨ ᠠᠪᠬᠤ ᠰᠠᠨᠠᠯ ᠢᠷᠡᠵᠦ ᠪᠠᠢᠭᠰᠠᠨ ᠪᠣᠯ ᠲᠤᠰ ᠬᠡᠮᠵᠢᠶ᠎ᠡ ᠨᠢ ᠡᠨᠡ ᠣᠨ ᠤ ᠡᠬᠢᠨ ᠦ ᠤᠯᠠᠷᠢᠯ ᠳᠤ 192.0 ᠰᠠᠶ᠎ᠠ ᠳ᠋ᠣᠯᠯᠠᠷ ᠪᠣᠯᠵᠤ᠂ 27 ᠰᠠᠶ᠎ᠠ ᠳ᠋ᠣᠯᠯᠠᠷ ᠢᠶᠠᠷ ᠦᠰᠪᠡ᠃
ᠮᠠᠨ ᠤ ᠤᠯᠤᠰ ᠤᠨ ᠭᠠᠳᠠᠭᠠᠳᠤ ᠸᠠᠯᠢᠶᠤᠲ ᠤᠨ ᠤᠯᠤᠰ ᠤᠨ ᠨᠥᠭᠡᠴᠡ 5 ᠲᠡᠷᠪᠤᠮ ᠳ᠋ᠣᠯᠯᠠᠷ ᠪᠠᠢᠨ᠎ᠠ᠃ ᠮᠣᠩᠭᠣᠯ ᠪᠠᠩᠭᠢᠨ ᠤ ᠲᠥᠰᠥᠭᠡᠯᠡᠯ ᠢᠶᠡᠷ ᠡᠨᠡ ᠣᠨ ᠳᠠᠭᠤᠰᠲᠠᠯ᠎ᠠ ᠤᠯᠠᠷᠢᠯ ᠤᠨ ᠣᠨᠴᠠᠯᠢᠭ ᠢᠶᠠᠨ ᠳᠠᠭᠠᠭᠠᠳ ᠠᠭᠤᠯᠠ ᠠᠭᠤᠷᠬᠠᠢ ᠶᠢᠨ ᠰᠠᠯᠪᠤᠷᠢ ᠶᠢᠨ ᠢᠳᠡᠪᠬᠢᠵᠢᠯ᠂ ᠨᠣᠣᠰᠣ ᠨᠤᠯᠤᠤᠷ᠂ ᠠᠶᠠᠯᠠᠯ ᠵᠢᠭᠤᠯᠴᠢᠯᠠᠯ ᠤᠨ ᠦᠢᠯᠡᠴᠢᠯᠡᠭᠡᠨ ᠡᠴᠡ ᠤᠷᠤᠬᠤ ᠸᠠᠯᠢᠶᠤᠲ ᠤᠨ ᠤᠷᠤᠰᠬᠠᠯ ᠨᠡᠮᠡᠭᠳᠡᠬᠦ᠂ ᠢᠷᠡᠬᠦ ᠣᠨ ᠤ ᠳᠥᠷᠪᠡᠳᠦᠭᠡᠷ ᠰᠠᠷ᠎ᠠ ᠬᠦᠷᠲᠡᠯ᠎ᠡ ᠲᠥᠯᠥᠬᠦ ᠪᠡᠷ ᠬᠦᠯᠢᠶᠡᠯᠭᠡᠵᠦ ᠪᠤᠢ ᠲᠣᠮᠣᠬᠠᠨ ᠭᠠᠳᠠᠭᠠᠳᠤ ᠥᠷᠢ ᠲᠥᠯᠥᠪᠦᠷᠢ ᠪᠠᠢᠬᠤ ᠦᠭᠡᠢ ᠤᠴᠢᠷ ᠴᠢᠨᠠᠭᠰᠢᠳᠠ ᠲᠥᠯᠥᠪᠦᠷᠢ ᠶᠢᠨ ᠲᠡᠩᠴᠡᠯ ᠦᠨ ᠠᠯᠳᠠᠭᠳᠠᠯ ᠪᠠᠭᠤᠷᠠᠬᠤ ᠬᠦᠯᠢᠶᠡᠯᠲᠡ ᠲᠡᠢ ᠪᠠᠢᠭ᠎ᠠ ᠭᠡᠨ᠎ᠡ᠃