ᠮᠣᠩᠭᠣᠯ ᠤᠯᠤᠰ ᠡᠮᠨᠡᠯ ᠵᠦᠢ ᠶᠢᠨ ᠨᠡᠷ᠎ᠡ ᠲᠣᠮᠢᠶ᠎ᠠ ᠶᠢ ᠬᠥᠭᠵᠢᠭᠦᠯᠦᠭᠴᠢ ᠪᠠᠢᠭᠤᠯᠤᠯᠭ᠎ᠠ ᠳᠤ ᠡᠯᠰᠡᠯ᠎ᠡ | News.MN

ᠮᠣᠩᠭᠣᠯ ᠤᠯᠤᠰ ᠡᠮᠨᠡᠯ ᠵᠦᠢ ᠶᠢᠨ ᠨᠡᠷ᠎ᠡ ᠲᠣᠮᠢᠶ᠎ᠠ ᠶᠢ ᠬᠥᠭᠵᠢᠭᠦᠯᠦᠭᠴᠢ ᠪᠠᠢᠭᠤᠯᠤᠯᠭ᠎ᠠ ᠳᠤ ᠡᠯᠰᠡᠯ᠎ᠡ

ᠮᠣᠩᠭᠣᠯ ᠤᠯᠤᠰ ᠣᠯᠠᠨ ᠤᠯᠤᠰ ᠤᠨ ᠡᠮᠨᠡᠯ ᠵᠦᠢ ᠶᠢᠨ ᠨᠡᠷ᠎ᠡ ᠲᠣᠮᠢᠶ᠎ᠠ ᠶᠢ ᠬᠥᠭᠵᠢᠭᠦᠯᠦᠭᠴᠢ snomed international ᠪᠠᠢᠭᠤᠯᠤᠯᠭ᠎ᠠ ᠶᠢᠨ ᠠᠯᠪᠠᠨ ᠶᠣᠰᠣᠨ ᠤ ᠭᠡᠰᠢᠭᠦᠨ ᠪᠣᠯᠤᠭᠰᠠᠨ ᠢ ᠡᠷᠡᠭᠦᠯ ᠮᠡᠨᠳᠦ ᠶᠢᠨ ᠶᠠᠮᠤᠨ ᠮᠡᠳᠡᠭᠡᠯᠡᠪᠡ᠃

ᠲᠤᠰ ᠶᠠᠮᠤᠨ  ᠡᠷᠡᠭᠦᠯ ᠮᠡᠨᠳᠦ ᠶᠢᠨ ᠲᠥᠷᠦᠯᠵᠢᠭᠰᠡᠨ ᠮᠡᠳᠡᠭᠡᠨ ᠦ ᠰᠠᠩ ᠢ ᠬᠥᠭᠵᠢᠭᠦᠯᠦᠨ ᠡᠮᠨᠡᠯᠭᠡ ᠶᠢᠨ ᠲᠤᠰᠠᠯᠠᠮᠵᠢ ᠦᠢᠯᠡᠴᠢᠯᠡᠭᠡᠨ ᠦ ᠥᠭᠭᠥᠭᠳᠡᠯ ᠢ ᠣᠯᠠᠨ ᠤᠯᠤᠰ ᠤᠨ ᠠᠩᠭᠢᠯᠠᠯ ᠺᠣᠳ᠋ᠴᠢᠯᠠᠯ ᠤᠨ ᠳᠠᠭᠠᠤ ᠴᠤᠭᠯᠠᠭᠤᠯᠵᠤ᠂ ᠪᠣᠯᠪᠠᠰᠤᠷᠠᠭᠤᠯᠬᠤ ᠵᠣᠷᠢᠯᠭ᠎ᠠ ᠪᠠᠷ ᠡᠨᠡ ᠬᠦ ᠪᠠᠢᠭᠤᠯᠤᠯᠭ᠎ᠠ ᠳᠤ ᠡᠯᠰᠡᠵᠡᠢ᠃ ᠪᠠᠢᠭᠤᠯᠤᠯᠭ᠎ᠠ ᠶᠢᠨ ᠭᠡᠰᠢᠭᠦᠨ ᠪᠣᠯᠤᠭᠰᠠᠨ ᠢᠶᠠᠷ ᠡᠮᠨᠡᠯ ᠵᠦᠢ ᠶᠢᠨ ᠨᠡᠷ᠎ᠡ ᠲᠣᠮᠢᠶᠠᠨ ᠤ ᠥᠭᠭᠥᠭᠳᠡᠯ ᠦᠨ ᠰᠠᠩ ᠢ ᠡᠬᠡ ᠣᠷᠣᠨ ᠳᠤ ᠪᠠᠨ ᠨᠡᠪᠲᠡᠷᠡᠭᠦᠯᠬᠦ ᠠᠷᠭ᠎ᠠ ᠠᠷᠭᠠᠴᠢᠯᠠᠯ ᠳᠤ ᠰᠤᠷᠤᠯᠴᠠᠵᠤ᠂ ᠡᠭᠦᠨ ᠢ ᠰᠢᠰᠲ᠋ᠧᠮ ᠲᠡᠢ ᠵᠥᠪ ᠬᠢᠬᠦ ᠪᠣᠯᠤᠮᠵᠢ ᠪᠥᠷᠢᠳᠬᠦ ᠶᠤᠮ᠃

ᠰᠡᠳᠬᠢᠭᠳᠡᠯ ᠦᠯᠡᠳᠡᠭᠡᠬᠦ