ᠮᠦᠽᠧᠢ ᠶᠢᠨ ᠪᠠᠢᠭᠤᠯᠤᠯᠭ᠎ᠠ ᠶᠢᠨ ᠤᠳᠤᠷᠢᠳᠤᠯᠭ᠎ᠠ ᠨᠠᠷ ᠣᠷᠣᠰ ᠤᠨ ᠬᠣᠯᠪᠣᠭᠠᠨ ᠤ ᠤᠯᠤᠰ ᠲᠤ ᠠᠯᠪᠠᠨ ᠲᠣᠮᠢᠯᠠᠯᠲᠠ ᠪᠠᠷ ᠠᠵᠢᠯᠯᠠᠵᠤ ᠪᠠᠢᠨ᠎ᠠ᠃ ᠮᠣᠰᠺᠸᠠ ᠬᠣᠲᠠ ᠳᠤ ᠪᠠᠢᠷᠢᠯᠠᠳᠠᠭ ᠳᠣᠷᠣᠨᠠᠳᠠᠬᠢᠨ ᠤ ᠤᠯᠤᠰ ᠤᠨ ᠮᠦᠽᠧᠢ ᠶᠢᠨ ᠶᠡᠷᠦᠩᠬᠡᠢ ᠵᠠᠬᠢᠷᠤᠯ᠂ ᠲᠡᠦᠬᠡ ᠶᠢᠨ ᠰᠢᠨᠵᠢᠯᠡᠬᠦ ᠤᠬᠠᠭᠠᠨ ᠤ ᠳ᠋ᠣᠺᠲ᠋ᠣᠷ ᠠ᠊ ∙ ᠸ ∙ ᠰᠧᠳᠤᠪ ᠴᠢᠩᠭᠢᠰ ᠬᠠᠭᠠᠨ ᠦᠨᠳᠦᠰᠦᠨ ᠦ ᠮᠦᠽᠧᠢ ᠶᠢᠨ ᠵᠠᠬᠢᠷᠤᠯ᠂ ᠠᠺᠠᠳᠧᠮᠢᠴᠢ ᠰ ∙ ᠴᠢᠯᠠᠭᠤᠨ ᠪᠣᠯᠤᠨ ᠳᠠᠭᠠᠯᠳᠤᠨ ᠶᠠᠪᠤᠭ᠎ᠠ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠵᠤ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠯ᠎ᠠ᠃
ᠰᠧᠳᠤᠪ ᠳᠣᠷᠣᠨᠠᠳᠠᠬᠢᠨ ᠤ ᠤᠯᠤᠰ ᠤᠨ ᠮᠦᠽᠧᠢ ᠶᠢᠨ ᠰᠠᠩ ᠬᠥᠮᠥᠷᠭᠡ ᠲᠡᠬᠢ ᠮᠣᠩᠭᠣᠯ ᠤᠨ ᠤᠷᠠᠯᠢᠭ᠂ ᠰᠤᠶᠤᠯ ᠤᠨ ᠲᠡᠦᠬᠡᠨ ᠳᠦ ᠬᠠᠮᠢᠶᠠᠷᠬᠤ ᠰᠢᠯᠢᠳᠡᠭ ᠦᠵᠡᠮᠦᠷᠢ ᠨᠦᠭᠦᠳ ᠢ ᠲᠠᠨᠢᠯᠴᠠᠭᠤᠯᠵᠤ᠂ ᠴᠢᠨᠠᠭᠰᠢᠳᠠ ᠬᠠᠮᠲᠤᠷᠠᠭᠰᠠᠨ ᠰᠤᠳᠤᠯᠭ᠎ᠠ ᠬᠢᠵᠦ᠂ ᠦᠵᠡᠰᠬᠦᠯᠡᠩ ᠵᠣᠬᠢᠶᠠᠨ ᠪᠠᠢᠭᠤᠯᠬᠤ ᠰᠠᠨᠠᠯ ᠲᠠᠢ ᠪᠠᠢᠭ᠎ᠠ ᠪᠠᠨ ᠬᠡᠯᠡᠪᠡ᠃ ᠠᠭᠤᠯᠵᠠᠯᠲᠠ ᠪᠠᠷ ᠰ ∙ ᠴᠢᠯᠠᠭᠤᠨ ᠲᠤᠰ ᠮᠦᠽᠧᠢ ᠳᠦ ᠬᠠᠳᠠᠭᠠᠯᠠᠭᠳᠠᠵᠤ ᠪᠤᠢ ᠮᠣᠩᠭᠣᠯ ᠤᠨ ᠴᠤᠭᠯᠠᠭᠤᠯᠭ᠎ᠠ ᠶᠢ 《ᠳᠡᠯᠡᠬᠡᠢ ᠳᠦ ᠲᠠᠷᠬᠠᠭᠰᠠᠨ ᠮᠣᠩᠭᠣᠯ ᠥᠪ》ᠲᠥᠰᠥᠯ ᠦᠨ ᠬᠦᠷᠢᠶᠡᠨ ᠳᠦ ᠰᠤᠳᠤᠯᠵᠤ᠂ 2026 ᠣᠨ ᠤ ᠬᠣᠶᠠᠳᠤᠭᠠᠷ ᠤᠯᠠᠷᠢᠯ ᠳᠤ ᠺᠠᠲ᠋ᠠᠯᠣᠭ ᠬᠡᠪᠯᠡᠨ ᠭᠠᠷᠭᠠᠨ᠎ᠠ ᠭᠡᠪᠡ᠃