《ᠵᠢᠮᠧᠺᠰ》ᠺᠣᠮᠫᠠᠨᠢ ᠰᠡᠭᠦᠯ ᠦᠨ ᠵᠢᠯ ᠦᠳ ᠲᠦ ᠣᠷᠣᠨ ᠨᠤᠲᠤᠭ ᠲᠤ ᠲᠤᠷᠰᠢᠯᠲᠠ ᠪᠠᠷ ᠲᠤᠲᠤᠷᠭ᠎ᠠ ᠲᠠᠷᠢᠶᠠᠯᠠᠵᠤ ᠪᠠᠢᠭ᠎ᠠ ᠶᠤᠮ᠃
ᠲᠡᠳᠡ ᠡᠨᠡ ᠵᠢᠯ ᠡᠴᠡ ᠡᠬᠢᠯᠡᠨ ᠬᠣᠪᠳᠣ ᠠᠢᠮᠠᠭ ᠤᠨ ᠪᠤᠯᠠᠭᠠᠨ ᠰᠤᠮᠤᠨ ᠳᠤ ᠲᠤᠲᠤᠷᠭ᠎ᠠ ᠶᠢᠨ ᠳᠣᠯᠣᠭᠠᠨ ᠰᠣᠷᠲ ᠲᠤᠷᠰᠢᠯᠲᠠ ᠪᠠᠷ ᠲᠠᠷᠢᠬᠤ ᠪᠠᠷ ᠪᠡᠯᠡᠳᠬᠡᠯ ᠬᠠᠩᠭᠠᠵᠠᠢ᠃
ᠬᠣᠪᠳᠣ ᠠᠢᠮᠠᠭ ᠤᠨ ᠵᠠᠰᠠᠭ ᠳᠠᠷᠤᠭ᠎ᠠ ᠮ ∙ ᠠᠮᠤᠷᠰᠠᠨᠠᠭ᠎ᠠ《ᠵᠢᠮᠧᠺᠰ》 ᠦᠨ ᠵᠠᠬᠢᠷᠤᠯ ᠵ ∙ ᠭᠠᠩᠬᠤᠶᠠᠭ᠂ ᠪᠦᠭᠦᠳᠡ ᠨᠠᠢᠷᠠᠮᠳᠠᠬᠤ ᠰᠣᠯᠣᠩᠭᠣᠰ ᠤᠯᠤᠰ ᠤᠨ ᠬᠢᠯᠢ ᠶᠢᠨ ᠴᠢᠨᠠᠳᠤ ᠳ᠋ᠡᠬᠢ ᠬᠥᠳᠡᠭᠡ ᠠᠵᠤ ᠠᠬᠤᠢ ᠶᠢᠨ ᠬᠥᠲᠥᠯᠪᠦᠷᠢ ᠶᠢᠨ ᠬᠥᠳᠡᠭᠡ ᠶᠢᠨ ᠬᠥᠭᠵᠢᠯ ᠢ ᠳᠡᠮᠵᠢᠬᠦ ᠭᠠᠵᠠᠷ ᠤᠨ ᠵᠠᠬᠢᠷᠤᠯ ᠤ᠊ ᠮᠶᠣᠨ ᠭᠶᠦ ᠨᠠᠷ ᠢ ᠬᠦᠯᠢᠶᠡᠨ ᠠᠪᠴᠤ ᠠᠭᠤᠯᠵᠠᠭᠠᠳ᠂ ᠪᠤᠯᠠᠭᠠᠨ ᠰᠤᠮᠤᠨ ᠳᠤ ᠲᠤᠲᠤᠷᠭ᠎ᠠ ᠲᠠᠷᠢᠶᠠᠯᠠᠬᠤ᠂ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠶᠠᠷᠢᠯᠴᠠᠵᠠᠢ᠃