United Airlines ᠺᠣᠮᠫᠠᠨᠢ ᠮᠣᠩᠭᠣᠯ᠂ ᠠᠮᠧᠷᠢᠺᠠ ᠶᠢᠨ ᠬᠣᠭᠣᠷᠣᠨᠳᠣ ᠰᠢᠭᠤᠳ ᠨᠢᠰᠦᠨ᠎ᠡ | News.MN

United Airlines ᠺᠣᠮᠫᠠᠨᠢ ᠮᠣᠩᠭᠣᠯ᠂ ᠠᠮᠧᠷᠢᠺᠠ ᠶᠢᠨ ᠬᠣᠭᠣᠷᠣᠨᠳᠣ ᠰᠢᠭᠤᠳ ᠨᠢᠰᠦᠨ᠎ᠡ

ᠠᠮᠧᠷᠢᠺᠠ ᠶᠢᠨ ᠠᠭᠠᠷ ᠤᠨ ᠲᠡᠭᠡᠭᠡᠪᠦᠷᠢ ᠶᠢᠨ 《United Airlines》ᠺᠣᠮᠫᠠᠨᠢ ᠡᠨᠡ ᠫᠦᠷᠪᠦ ᠭᠠᠷᠠᠭ ᠪᠤᠶᠤ ᠲᠠᠪᠤᠳᠤᠭᠠᠷ ᠰᠠᠷ᠎ᠠ ᠶᠢᠨ ᠨᠢᠭᠡᠨ ᠡᠴᠡ ᠮᠣᠩᠭᠣᠯ᠂ ᠠᠮᠧᠷᠢᠺᠠ ᠶᠢᠨ ᠬᠣᠭᠣᠷᠣᠨᠳᠣ ᠰᠢᠭᠤᠳ ᠨᠢᠰᠦᠯᠭᠡ ᠪᠡᠨ ᠡᠬᠢᠯᠡᠭᠦᠯᠬᠦ ᠭᠡᠵᠦ ᠪᠠᠢᠨ᠎ᠠ᠃ ᠢᠩᠭᠢᠬᠦ ᠳᠦ ᠪᠡᠨ ᠶᠠᠫᠣᠨ ᠤ ᠲᠤᠤᠺᠢᠤ᠋ ᠬᠣᠲᠠ ᠪᠠᠷ ᠳᠠᠮᠵᠢᠨ ᠳᠣᠯᠣᠭ᠎ᠠ ᠬᠣᠨᠣᠭ ᠲᠤ ᠭᠤᠷᠪᠠᠨ ᠤᠳᠠᠭ᠎ᠠ ᠨᠢᠰᠦᠯᠭᠡ ᠦᠢᠯᠡᠳᠬᠦ ᠶᠤᠮ᠃

ᠰᠢᠭᠤᠳ ᠨᠢᠰᠦᠯᠭᠡ ᠡᠬᠢᠯᠡᠭᠦᠯᠬᠦ ᠲᠡᠢ ᠬᠣᠯᠪᠣᠭᠠᠲᠠᠢ ᠪᠠᠷ ᠢᠷᠭᠡᠨ ᠦ ᠨᠢᠰᠬᠦ ᠶᠢᠨ ᠦᠨᠳᠦᠰᠦᠨ ᠦ ᠲᠥᠪ ᠪᠣᠯᠤᠨ United Airlines ᠺᠣᠮᠫᠠᠨᠢ ᠥᠴᠥᠭᠡᠳᠦᠷ ᠵᠣᠷᠴᠢᠭᠴᠢ ᠶᠢᠨ ᠠᠶᠤᠯᠭᠦᠢ ᠪᠠᠢᠳᠠᠯ ᠤᠨ ᠦᠢᠯᠡᠴᠢᠯᠡᠭᠡ ᠦᠵᠡᠭᠦᠯᠬᠦ ᠭᠡᠷ᠎ᠡ ᠪᠠᠢᠭᠤᠯᠵᠠᠢ᠃

ᠰᠡᠳᠬᠢᠭᠳᠡᠯ ᠦᠯᠡᠳᠡᠭᠡᠬᠦ