ᠮᠣᠩᠭᠣᠯ᠂ ᠣᠷᠤᠰ ᠤᠨ ᠬᠠᠮᠲᠤᠷᠠᠭᠰᠠᠨ ᠠᠷᠬᠧᠣᠯᠣᠭᠢ ᠶᠢᠨ ᠮᠠᠯᠲᠠᠯᠭ᠎ᠠ ᠬᠠᠢᠭᠤᠯ ᠤᠨ ᠠᠵᠢᠯ ᠡᠨᠡ ᠰᠠᠷ᠎ᠠ ᠶᠢᠨ 17 ᠳᠤ ᠡᠬᠢᠯᠡᠯ᠎ᠡ᠃ ᠮᠣᠩᠭᠣᠯ ᠤᠯᠤᠰ᠂ ᠣᠷᠣᠰ ᠤᠨ ᠲᠥᠷᠦ ᠶᠢᠨ ᠲᠡᠷᠢᠬᠦᠠ ᠨᠠᠷ ᠤᠨ《ᠴᠢᠯᠦᠭᠡᠯᠡᠬᠦ ᠳᠠᠢᠨ ᠤ ᠢᠯᠠᠯᠲᠠ ᠶᠢᠨ 80 ᠵᠢᠯ ᠦᠨ ᠣᠢ ᠶᠢ ᠬᠠᠮᠲᠤᠷᠠᠨ ᠲᠡᠮᠳᠡᠭ᠍ᠯᠡᠨ ᠥᠩᠭᠡᠷᠡᠭᠦᠯᠬᠦ》ᠲᠤᠬᠠᠶ 2024 ᠣᠨ ᠤ ᠶᠠᠷᠢᠶ᠎ᠠ ᠬᠡᠯᠡᠯᠴᠡᠭᠡᠷ ᠲᠤ ᠬᠠᠯᠬ᠎ᠠ ᠶᠢᠨ ᠭᠣᠣᠯ ᠤᠨ ᠪᠠᠢᠯᠳᠤᠭᠠᠨ ᠤ ᠲᠤᠯᠤᠯᠳᠤᠭᠠᠨ ᠤ ᠲᠠᠯᠠᠪᠤᠷ ᠲᠤ ᠬᠠᠮᠲᠤᠷᠠᠭᠰᠠᠨ ᠬᠠᠢᠭᠤᠯ ᠤᠨ ᠪᠠᠭ ᠪᠠᠢᠭᠤᠯᠵᠤ ᠠᠵᠢᠯᠯᠠᠭᠤᠯᠬᠤ ᠪᠠᠷ ᠰᠢᠢᠳᠪᠦᠷᠢᠯᠡᠭ᠍ᠰᠡᠨ ᠪᠢᠯᠡ ᠃
ᠡᠨᠡ ᠨᠢ ᠬᠠᠯᠬ᠎ᠠ ᠭᠣᠣᠯ ᠤᠨ ᠪᠠᠢᠯᠳᠤᠭᠠᠨ ᠤ ᠲᠠᠯᠠᠪᠤᠷ ᠠᠴᠠ ᠠᠮᠢ ᠦᠷᠡᠭ᠍ᠳᠡᠭ᠍ᠰᠡᠨ ᠳᠠᠢᠴᠢᠳ ᠤᠨ ᠳᠤᠷᠠᠰᠬᠠᠯ ᠢ ᠢᠯᠡᠷᠡᠭᠦᠯᠬᠦ ᠂ ᠮᠥᠩᠬᠡᠵᠢᠭᠦᠯᠬᠦ ᠂ ᠣᠷᠣᠰ ᠤᠨ ᠲᠠᠯ᠎ᠠ ᠳᠤ ᠲᠤᠬᠠᠢ ᠶᠢᠨ ᠦᠶ᠎ᠡ ᠶᠢᠨ ᠤᠯᠠᠭᠠᠨ ᠠᠷᠮᠢ ᠶᠢᠨ ᠠᠮᠢ ᠦᠷᠡᠭ᠍ᠳᠡᠭ᠍ᠰᠡᠨ ᠳᠠᠢᠴᠢᠳ ᠤᠨ ᠳᠤᠷᠠᠰᠬᠠᠯ ᠢ ᠰᠢᠯᠵᠢᠭᠦᠯᠦᠨ ᠦᠭ᠍ᠬᠦ᠂ ᠴᠡᠷᠢᠭ ᠤᠨ ᠠᠷᠬᠧᠣᠯᠣᠭᠢ ᠶᠢᠨ ᠰᠤᠳᠤᠯᠭ᠎ᠠ ᠶᠢ ᠭᠦᠨᠵᠡᠭᠡᠢᠷᠡᠭᠦᠯᠦᠨ ᠬᠥᠭ᠍ᠵᠢᠭᠦᠯᠬᠦ᠂ ᠢᠯᠡᠷᠡᠭ᠍ᠰᠡᠨ ᠣᠯᠳᠠᠪᠤᠷᠢ ᠬᠡᠷᠡᠭ᠍ᠯᠡᠭ᠍ᠳᠡᠬᠦᠨ ᠢ ᠡᠷᠳᠡᠮ ᠰᠢᠨᠵᠢᠯᠡᠭᠡᠨ ᠤ ᠡᠷᠭᠢᠯᠲᠡ ᠳᠤ ᠣᠷᠣᠭᠤᠯᠬᠤ ᠵᠣᠷᠢᠯᠭ᠎ᠠ ᠲᠠᠢ ᠶᠤᠮ᠃
ᠮᠠᠯᠲᠠᠯᠭ᠎ᠠ ᠶᠢᠨ ᠠᠵᠢᠯ ᠢ ᠬᠠᠭᠤᠷᠠᠢ ᠵᠠᠮ ᠤᠨ ᠴᠡᠷᠢᠭ ᠤᠨ ᠱᠲ᠋ᠠᠪ ᠤᠨ ᠳᠠᠷᠤᠭ᠎ᠠ᠂ ᠪᠠᠷᠢᠭᠠᠳᠠ ᠶᠢᠨ ᠭᠧᠨᠧᠷᠡᠯ ᠴ∙ ᠪᠤᠶᠠᠨᠳᠡᠯᠭᠡᠷ ᠤᠳᠤᠷᠢᠳᠤᠨ ᠠᠵᠢᠯᠯᠠᠵᠤ ᠪᠡᠢᠨ᠎ᠡ᠃