ᠪᠦᠬᠦᠳᠠ ᠨᠠᠢᠷᠠᠮᠳᠠᠬᠤ ᠠᠦ᠋ᠰᠲ᠌ᠷᠢ ᠤᠯᠤᠰ ᠤᠨ ᠶᠡᠷᠦᠩᠬᠡᠢᠢᠯᠡᠭ᠍ᠴᠢ ᠮᠣᠩᠭᠣᠯ ᠤᠯᠤᠰ ᠲᠤ ᠠᠢᠯᠴᠢᠯᠠᠨ᠎ᠠ | News.MN

ᠪᠦᠬᠦᠳᠠ ᠨᠠᠢᠷᠠᠮᠳᠠᠬᠤ ᠠᠦ᠋ᠰᠲ᠌ᠷᠢ ᠤᠯᠤᠰ ᠤᠨ ᠶᠡᠷᠦᠩᠬᠡᠢᠢᠯᠡᠭ᠍ᠴᠢ ᠮᠣᠩᠭᠣᠯ ᠤᠯᠤᠰ ᠲᠤ ᠠᠢᠯᠴᠢᠯᠠᠨ᠎ᠠ

ᠮᠣᠩᠭᠣᠯ ᠤᠯᠤᠰ ᠤᠨ ᠶᠡᠷᠦᠩᠬᠡᠢᠢᠯᠡᠭ᠍ᠴᠢ ᠤᠬᠤᠨ᠎ᠠ ᠶᠢᠨ ᠬᠦᠷᠡᠯᠰᠦ᠋ᠬᠡ ᠶᠢᠨ ᠤᠷᠢᠯᠭ᠎ᠠ ᠪᠠᠷ ᠪᠦᠬᠦᠳᠠ ᠨᠠᠢᠷᠠᠮᠳᠠᠬᠤ ᠠᠦ᠋ᠰᠲ᠌ᠷᠢ ᠤᠯᠤᠰ ᠤᠨ ᠶᠡᠷᠦᠩᠬᠡᠢᠢᠯᠡᠭ᠍ᠴᠢ ᠠᠯᠸᠺᠰᠠᠨᠳᠠᠷ ᠸᠠᠩ ᠳ᠋ᠸᠷ ᠪᠧᠯᠯᠧᠨ 05 ᠳ᠋ᠤᠭᠠᠷ ᠰᠠᠷ᠎ᠠ ᠶᠢᠨ 25-28 ‍ᠣ ᠡᠳᠦᠷ ᠤᠳ ᠲᠤ ᠲᠥᠷᠦ ᠶᠢᠨ ᠠᠢᠯᠴᠢᠯᠠᠯ ᠬᠢᠨ᠎ᠡ᠃ ᠠᠢᠯᠴᠢᠯᠠᠯ ᠤᠨ ᠦᠶ᠎ᠡ ᠪᠠᠷ ᠲᠥᠷᠦ ᠶᠢᠨ ᠲᠡᠷᠢᠬᠦᠠ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ᠂ ᠡᠳ᠋ ᠦᠨ ᠵᠠᠰᠠᠭ᠂ ᠬᠥᠷᠥᠩᠭᠡ ᠣᠷᠤᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠠᠢ ᠲᠡᠮᠡᠴᠡᠬᠦ ᠵᠡᠷᠭᠡ ᠳᠠᠶᠠᠩ ᠳᠡᠯᠡᠬᠡᠢ ᠶᠢᠨ ᠲᠤᠯᠭᠠᠮᠳᠠᠭᠰᠠᠨ ᠠᠰᠠᠭᠤᠳᠠᠯ ᠤᠳ ᠢ ᠰᠢᠢᠳᠪᠦᠷᠢᠯᠡᠬᠦ ᠳᠤ ᠬᠠᠮᠲᠤ ᠶ᠋ᠢᠨ ᠬᠤᠪᠢ ᠨᠡᠮᠡᠷᠢ ᠪᠡᠨ ᠣᠷᠣᠭᠤᠯᠬᠤ᠂ ᠲᠣᠭᠲᠠᠪᠤᠷᠢᠲᠠᠶ ᠬᠥᠭ᠍ᠵᠢᠯ ᠤᠨ ᠵᠣᠷᠢᠯᠲᠠ ᠨᠤᠭᠤᠳ ᠢ ᠬᠠᠩᠭᠠᠬᠤ ᠵᠡᠷᠭᠡ ᠴᠢᠭ᠍ᠯᠡᠯ ᠢᠶᠡᠷ ᠶᠠᠷᠢᠯᠴᠠᠨ᠎ᠠ᠃

ᠮᠥᠨ ᠮᠣᠩᠭᠣᠯ ᠠᠦ᠋ᠰᠲ᠌ᠷᠢ ᠶᠢᠨ ᠬᠠᠮᠲᠤᠷᠠᠭᠰᠠᠨ ᠲᠤᠩᠬᠠᠭᠯᠠᠯ ᠪᠤᠯᠦᠠ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶᠢ ᠨᠡᠢᠭᠡᠮ ᠤᠨ ᠬᠠᠮᠠᠭᠠᠯᠠᠯ ᠂ ᠰᠠᠩᠬᠦᠦ᠂ ᠠᠰᠢᠭᠲᠤ ᠮᠠᠯᠲᠠᠮᠠᠯ᠂ ᠰᠢᠨᠵᠢᠯᠡᠬᠦ ᠤᠬᠠᠭᠠᠨ᠂ ᠰᠤᠶᠦᠯ᠂ ᠤᠷᠠᠯᠢᠭ ᠵᠡᠷᠭᠡ ᠰᠠᠯᠪᠤᠷᠢ ᠳᠤ ᠭᠦᠨᠵᠡᠭᠡᠢᠢᠷᠡᠭᠦᠯᠬᠦ ᠲᠠᠢ ᠬᠣᠯᠪᠣᠭ᠎ᠠ ᠲᠠᠢ ᠪᠠᠷᠢᠮᠲᠠ ᠪᠢᠴᠢᠭ ᠤᠳ ᠲᠤ ᠭᠠᠷ ᠤᠨ ᠦᠰᠦᠭ ᠵᠢᠷᠤᠵᠤ᠂ ᠭᠡᠪᠯᠡᠯ ᠮᠡᠳᠡᠭᠡᠯᠡᠯ ᠦᠨ ᠪᠠᠢᠭᠤᠯᠤᠯᠭ᠎ᠠ ᠶᠢᠨ ᠲᠥᠯᠥᠭᠡᠯᠡᠯ ᠳᠦ ᠮᠡᠳᠡᠭᠡᠯᠡᠯ ᠥᠭ᠍ᠭᠦᠨ᠎ᠡ ᠃

ᠰᠡᠳᠬᠢᠭᠳᠡᠯ ᠦᠯᠡᠳᠡᠭᠡᠬᠦ