ᠶᠠᠫᠣᠨ ᠤ ᠡᠵᠡᠨ ᠬᠠᠭᠠᠨ ᠨᠠᠷᠤᠾᠢᠲ᠋ᠤ᠋᠂ ᠬᠠᠲᠤᠨ ᠬᠠᠭᠠᠨ ᠮᠠᠰᠠᠺᠤ ᠢᠷᠡᠬᠦ ᠳᠣᠯᠣᠳᠤᠭᠠᠷ ᠰᠠᠷ᠎ᠠ ᠳᠤ ᠮᠣᠩᠭᠣᠯ ᠳᠤ ᠠᠢᠯᠴᠢᠯᠠᠬᠤ ᠪᠠᠷ ᠲᠥᠯᠥᠪᠯᠡᠵᠦ ᠪᠠᠢᠭ᠎ᠠ ᠶᠢ ᠲᠤᠰ ᠤᠯᠤᠰ ᠤᠨ ᠬᠡᠪᠯᠡᠯ ᠦᠳ ᠡᠮᠦᠨ᠎ᠡ ᠨᠢ ᠮᠡᠳᠡᠭᠡᠯᠡᠵᠦ ᠪᠠᠢᠭᠰᠠᠨ ᠪᠢᠯᠡ ᠃ ᠲᠡᠭᠡᠪᠡᠯ ᠬᠠᠭᠠᠨ ᠤ ᠭᠡᠷ ᠪᠦᠯᠢ ᠳᠣᠯᠣᠳᠤᠭᠠᠷ ᠰᠠᠷ᠎ᠠ ᠶᠢᠨ 6-13 ᠣ ᠡᠳᠦᠷ ᠤᠳ ᠲᠤ ᠮᠣᠩᠭᠣᠯ ᠤᠯᠤᠰ ᠲᠤ ᠲᠥᠷᠦ ᠶᠢᠨ ᠠᠢᠯᠴᠢᠯᠠᠯ ᠬᠢᠬᠦ ᠪᠡᠷ ᠪᠣᠯᠣᠭᠰᠠᠨ ᠢ ᠶᠡᠷᠦᠩᠬᠡᠢᠢᠯᠡᠭ᠍ᠴᠢ ᠶᠢᠨ ᠲᠠᠮᠠᠭ᠎ᠠ ᠶᠢᠨ ᠭᠠᠵᠠᠷ ᠠᠴᠠ ᠮᠡᠳᠡᠭᠡᠯᠡᠯ᠎ᠡ᠃
ᠠᠢᠯᠴᠢᠯᠠᠯ ᠤᠨ ᠬᠦᠷᠢᠶᠡᠨ ᠳᠤ ᠠᠯᠪᠠᠨ ᠶᠣᠰᠣᠨ ᠤ ᠠᠭᠤᠯᠵᠠᠯᠲᠠ ᠬᠢᠬᠦ ᠡᠴᠡ ᠭᠠᠳᠡᠨ᠎ᠡ ᠦᠨᠳᠦᠰᠦᠨ ᠤ ᠶᠡᠭᠡ ᠪᠡᠶᠡᠷ ᠨᠠᠭᠠᠳᠤᠮ ᠤᠨ ᠨᠡᠭᠡᠭᠡᠯᠳᠡ ᠪᠤᠯᠦᠠ ᠶᠣᠰᠣᠯᠠᠯ ᠤᠨ ᠪᠤᠰᠤᠳ ᠠᠵᠢᠯᠯᠠᠭᠠᠨ ᠳᠤ ᠬᠦᠨᠳᠦᠲᠦ ᠵᠣᠴᠢᠳ ᠤᠨ ᠬᠤᠪᠢ ᠪᠠᠷ ᠣᠷᠣᠯᠴᠠᠵᠤ᠂ ᠳᠡᠯᠡᠬᠡᠢ ᠶᠢᠨ ᠬᠣᠶᠠᠳᠤᠭᠠᠷ ᠳᠠᠢᠨ ᠤ ᠦᠶ᠎ᠡ ᠳᠤ ᠵᠥᠪᠯᠡᠯᠲᠦ ᠳᠦ ᠣᠯᠵᠠᠯᠠᠭᠳᠠᠨ ᠮᠣᠩᠭᠣᠯ ᠳᠤ ᠠᠮᠢ ᠪᠠᠨ ᠠᠯᠳᠠᠭᠰᠠᠨ ᠶᠠᠫᠤᠨ ᠴᠡᠷᠢᠭ ᠤᠳ ᠦᠨ ᠳᠤᠷᠠᠰᠬᠠᠯ ᠤᠨ ᠬᠥᠰᠢᠶᠡᠨ ᠳᠦ ᠴᠡᠴᠡᠭ ᠡᠷᠭᠦᠬᠦ ᠶᠤᠮ ᠃ ᠡᠵᠡᠨ ᠬᠠᠭᠠᠨ ᠨᠠᠷᠤᠾᠢᠲ᠋ᠤ᠋ ᠤᠭᠰᠠᠭ᠎ᠠ ᠵᠠᠯᠭᠠᠮᠵᠢᠯᠠᠭ᠌ᠴᠢ ᠬᠣᠩ ᠲᠠᠢᠵᠢ ᠶᠢᠨ ᠬᠤᠪᠢ ᠪᠠᠷ ᠮᠣᠩᠭᠣᠯ᠂ ᠶᠠᠫᠤᠨ ᠤᠯᠤᠰ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠶᠢᠨ ᠬᠦᠷᠢᠶᠡᠨ ᠳᠤ 2007 ᠣᠨ ᠳᠤ ᠮᠠᠨ ᠤ ᠤᠯᠤᠰ ᠲᠤ ᠠᠯᠪᠠᠨ ᠶᠣᠰᠣᠨ ᠤ ᠠᠢᠯᠴᠢᠯᠠᠯ ᠬᠢᠵᠦ ᠪᠠᠢᠭᠰᠠᠨ ᠪᠣᠯ ᠡᠨᠡ ᠤᠳᠠᠭ᠎ᠠ ᠶᠢᠨ ᠠᠢᠯᠴᠢᠯᠠᠯ ᠨᠢ ᠠᠩᠬᠠᠨ ᠤ ᠲᠥᠷᠦ ᠶᠢᠨ ᠠᠢᠯᠴᠢᠯᠠᠯ ᠪᠣᠯᠵᠤ ᠪᠡᠢᠨ᠎ᠡ ᠃